ᠮᠤᠡᠭᠭᠤᠯ ᠤᠯᠤᠰ ᠤᠨ ᠴᠠᠭ ᠠᠭᠤᠷ ᠤᠨ ᠲᠤᠪᠴᠢᠶ᠎ᠠ ᠵᠢᠨ ᠲᠦᠯᠦᠬᠡᠯᠡᠭᠴᠢ ᠵᠢᠨ ᠪᠦᠯᠬᠦᠮ ᠦᠪᠦᠷ ᠮᠤᠡᠭᠭᠤᠯ ᠤᠨ ᠦᠪᠡᠷᠳᠡᠬᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶ᠎ᠠ ᠵᠢᠨ ᠰᠢᠨᠵᠢᠯᠡᠬᠦ ᠮᠡᠷᠬᠡᠵᠢᠯ ᠤᠨ ᠰᠤᠳᠤᠯᠭᠠᠨ ᠤ ᠭᠠᠵᠠᠷ  ᠤᠨ ᠬᠢᠨ ᠲᠠᠢ ᠰᠠᠨᠠᠯ ᠵᠢᠡᠨ ᠰᠤᠯᠢᠯᠴᠠᠪᠠ

ᠨᠡᠶᠢᠲᠡᠯᠡᠭᠰᠡᠨ ᠴᠠᠭ᠄2016/4/19

   ᠤᠶᠢᠷ᠎ᠠ ᠵᠢᠨ ᠡᠳᠦᠷ᠂ ᠮᠤᠡᠭᠭᠤᠯ ᠤᠯᠤᠰ ᠤᠨ ᠴᠠᠭ ᠠᠭᠤᠷ  ᠪᠤᠯᠤᠨ ᠤᠷᠴᠢᠨ ᠲᠤᠭᠤᠷᠢᠨ ᠤ ᠬᠢᠨᠠᠨ ᠬᠡᠮᠵᠢᠯᠳᠡ ᠵᠢᠨ ᠲᠤᠪᠴᠢᠶ᠎ᠠ ᠵᠢᠨ ᠲᠠᠷᠤᠭ᠎ᠠ ᠴᠤᠭᠳᠤᠸᠴᠢᠷ ᠪᠤᠯᠤᠨ ᠲᠡᠬᠦᠨ ᠤ ᠲᠠᠭᠠᠭᠰᠠᠳ ᠦᠪᠦᠷ ᠮᠤᠡᠭᠭᠤᠯ ᠤᠨ ᠦᠪᠡᠷᠳᠡᠬᠡᠨ ᠵᠠᠰᠠᠬᠤ ᠤᠷᠤᠨ ᠤ ᠴᠠᠭ ᠠᠭᠤᠷ ᠤᠨ  ᠲᠤᠪᠴᠢᠶ᠎ᠠ ᠵᠢᠨ ᠰᠢᠨᠵᠢᠯᠡᠬᠦ ᠮᠡᠷᠬᠡᠵᠢᠯ ᠤᠨ ᠰᠤᠳᠤᠯᠭᠠᠨ ᠤ ᠭᠠᠵᠠᠷ ᠲᠤ ᠢᠷᠡᠵᠦ᠂ ᠲᠤᠬᠠᠶᠢᠯᠠᠭᠰᠠᠨ ᠠᠵᠢᠯ ᠤᠨ ᠪᠠᠶᠢᠴᠠᠭᠠᠨ ᠰᠤᠳᠤᠯᠤᠯᠳᠠ ᠬᠢᠵᠦ᠂ ᠰᠠᠨᠠᠯ ᠵᠢᠡᠨ ᠰᠤᠯᠢᠯᠴᠠᠪᠠ᠃ ᠲᠤᠰ ᠬᠤᠭᠤᠴᠠᠭᠠᠨ ᠳᠤ᠂ ᠰᠢᠨᠵᠢᠯᠡᠬᠦ ᠮᠡᠷᠬᠡᠵᠢᠯ ᠤᠨ ᠰᠤᠳᠤᠯᠭᠠᠨ ᠤ ᠭᠠᠵᠠᠷ᠂ ᠦᠪᠦᠷ ᠮᠤᠡᠭᠭᠤᠯ ᠤᠨ ᠦᠪᠡᠷᠳᠡᠬᠡᠨ ᠵᠠᠰᠠᠬᠤ ᠤᠷᠤᠨ ᠤ ᠬᠦᠮᠦᠨ ᠤ ᠬᠦᠴᠦ ᠪᠡᠷ ᠴᠠᠭ ᠠᠭᠤᠷ ᠢ ᠨᠦᠯᠦᠬᠡᠯᠡᠬᠦ ᠬᠦᠭᠵᠢᠯᠳᠡ ᠵᠢᠨ ᠤᠳᠤᠬᠢ ᠪᠠᠶᠢᠳᠠᠯ᠂ ᠦᠪᠦᠷ ᠮᠤᠡᠭᠭᠤᠯ ᠤᠨ ᠦᠪᠡᠷᠳᠡᠬᠡᠨ ᠵᠠᠰᠠᠬᠤ ᠤᠷᠤᠨ ᠤ ᠬᠦᠮᠦᠨ ᠤ ᠬᠦᠴᠦ ᠪᠡᠷ ᠴᠠᠭ ᠠᠭᠤᠷ ᠢ ᠨᠦᠯᠦᠬᠡᠯᠡᠬᠦ ᠲᠤᠨᠤᠭ ᠲᠦᠬᠦᠬᠡᠷᠦᠮᠵᠢ ᠵᠢᠨ ᠪᠠᠶᠢᠳᠠᠯ᠂ ᠠᠭᠠᠷ ᠤᠨ ᠠᠶᠠᠯᠠᠯ ᠤᠨ  ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠬᠦᠭᠵᠢᠯᠳᠡ ᠵᠢᠨ ᠪᠠᠶᠢᠳᠠᠯ ᠪᠤᠯᠤᠨ ᠰᠤᠳᠤᠯᠭᠠᠨ ᠤ ᠪᠠᠶᠢᠳᠠᠯ᠂ ᠡᠬᠦᠯᠡ ᠲᠤᠨᠳᠠᠰᠤᠨ ᠤ ᠨᠠᠷᠢᠯᠢᠬᠴᠢᠯᠠᠭᠰᠠᠨ ᠵᠠᠳᠠᠯᠤᠯᠳᠠ ᠵᠢᠨ ᠲᠠᠪᠴᠠᠡᠭ(CPAS)᠂ ᠦᠪᠦᠷ ᠮᠤᠡᠭᠭᠤᠯ ᠤᠨ ᠬᠦᠮᠦᠨ ᠤ ᠬᠦᠴᠦ ᠪᠡᠷ ᠴᠠᠭ ᠠᠭᠤᠷ ᠢ ᠨᠦᠯᠦᠬᠡᠯᠡᠬᠦ  ᠦᠵᠡᠭᠳᠡᠮᠡᠯ ᠰᠤᠷᠠᠭ ᠵᠠᠩᠬᠢ  ᠵᠢᠨ ᠰᠢᠰᠲ᠋ᠸᠮ᠂  ᠮᠤᠲᠸᠯ ᠦᠢᠯᠡᠳᠬᠡᠬᠦᠨ  ᠢ  ᠨᠡᠶᠢᠳᠡᠯᠡᠬᠦ ᠰᠦᠯᠵᠢᠶᠡᠨ ᠤ ᠴᠡᠭ  ᠵᠡᠷᠭᠡ  ᠲᠤᠬᠠᠶᠢᠯᠠᠭᠰᠠᠨ ᠠᠵᠢᠯ ᠤᠨ ᠰᠢᠰᠲ᠋ᠸᠮ ᠢ  ᠨᠠᠷᠢᠯᠢᠬ ᠲᠠᠢᠢᠯᠪᠤᠷᠢᠯᠠᠬᠤ ᠵᠢᠨ ᠲᠠᠭᠠᠤ ᠦᠯᠢᠬᠡᠷᠯᠡᠨ ᠦᠵᠡᠬᠦᠯᠦᠭᠰᠡᠨ ᠪᠠᠶᠢᠨ᠎ᠠ᠃ ᠲᠦᠯᠦᠬᠡᠯᠡᠭᠴᠢ ᠵᠢᠨ ᠪᠦᠯᠬᠦᠮ ᠦᠪᠦᠷ ᠮᠤᠡᠭᠭᠤᠯ ᠤᠨ ᠬᠦᠮᠦᠨ ᠤ ᠬᠦᠴᠦ ᠪᠡᠷ ᠴᠠᠭ ᠠᠭᠤᠷ ᠢ ᠨᠦᠯᠦᠬᠡᠯᠡᠬᠦ ᠲᠤᠬᠠᠶᠢᠯᠠᠭᠰᠠᠨ ᠠᠵᠢᠯ ᠤᠨ ᠬᠦᠭᠵᠢᠯᠳᠡ᠂ ᠴᠢᠬᠤᠯᠠ ᠶᠡᠬᠡ ᠨᠡᠶᠢᠬᠡᠮ ᠤᠨ ᠪᠠᠳᠤᠯᠠᠭ᠎ᠠ ᠵᠢᠨ ᠠᠵᠢᠯᠯᠠᠭᠠᠨ ᠤ ᠭᠠᠪᠢᠶ᠎ᠠ ᠵᠢᠳᠬᠦᠯ ᠵᠢᠴᠢ ᠪᠤᠷᠤᠭ᠎ᠠ ᠵᠢ ᠨᠡᠮᠡᠭᠳᠡᠬᠦᠯᠦᠨ ᠮᠦᠨᠳᠦᠷ ᠢ ᠰᠡᠷᠬᠡᠶᠢᠯᠡᠬᠦ  ᠬᠦᠢᠴᠡᠳᠬᠡᠬᠦ ᠲᠤᠭ᠎ᠠ ᠵᠢᠨ ᠪᠠᠶᠢᠭᠤᠯᠤᠯᠳᠠ  ᠵᠢ ᠲᠡᠭᠡᠳᠦ ᠬᠡᠮᠵᠢᠶ᠎ᠠ ᠪᠡᠷ ᠦᠨᠡᠯᠡᠵᠦ᠂ ᠬᠦᠮᠦᠨ ᠤ ᠬᠦᠴᠦ ᠪᠡᠷ ᠴᠠᠭ ᠠᠭᠤᠷ ᠢ ᠨᠦᠯᠦᠬᠡᠯᠡᠬᠦ ᠲᠤᠬᠠᠶᠢᠯᠠᠭᠰᠠᠨ ᠠᠵᠢᠯ᠂ ᠢᠯᠡᠭᠭᠤᠶ᠎ᠠ ᠮᠡᠷᠬᠡᠵᠢᠯ ᠤᠨ ᠠᠷᠭ᠎ᠠ ᠪᠠᠷᠢᠯ ᠤᠨ ᠲᠠᠯ᠎ᠠ ᠪᠡᠷ  ᠲᠡᠮᠵᠢᠯᠭᠡ ᠦᠵᠡᠬᠦᠯᠬᠦ  ᠵᠢ ᠬᠦᠰᠡᠬᠦ ᠵᠢᠨ ᠬᠠᠮᠳᠤ ᠤᠯᠠᠮ ᠨᠢᠬᠡᠨ ᠠᠯᠬᠤᠮ ᠬᠠᠮᠳᠤᠷᠠᠨ ᠠᠵᠢᠯᠯᠠᠬᠤ ᠰᠠᠨᠠᠯ ᠵᠤᠷᠢᠯᠳᠠ ᠪᠡᠨ ᠲᠤᠷᠠᠳᠴᠦ᠂ ᠬᠠᠮᠳᠤ ᠪᠡᠷ ᠲᠤᠮᠳᠠᠳᠤ ᠮᠤᠡᠭᠭᠤᠯ ᠬᠤᠶᠠᠷ ᠤᠯᠤᠰ ᠤᠨ ᠲᠤᠬᠠᠶᠢᠯᠠᠭᠰᠠᠨ ᠠᠵᠢᠯ ᠤᠨ ᠰᠤᠯᠢᠯᠴᠠᠭ᠎ᠠ ᠪᠤᠯᠤᠨ ᠬᠠᠮᠳᠤᠷᠠᠨ ᠠᠵᠢᠯᠯᠠᠬᠤ ᠬᠠᠷᠠᠯᠳᠠ ᠪᠡᠨ ᠲᠦᠯᠬᠢᠨ ᠠᠬᠢᠭᠤᠯᠬᠤ  ᠵᠢ ᠬᠦᠰᠡᠭᠰᠡᠨ ᠪᠠᠶᠢᠨ᠎ᠠ᠃